ᠲᠦᠩᠯᠢᠶᠣᠣ ᠮᠣᠩᠭᠤᠯ ᠳᠤᠮᠳᠠᠳᠤ ᠰᠤᠷᠭᠠᠭᠤᠯᠢ ᠵᠢᠨ ᠪᠠᠭᠰᠢ ᠨᠠᠷ ᠂ ᠮᠠᠨ ᠤ᠋ ᠬᠣᠷᠢᠶᠠᠨ ᠤ᠋ ᠨᠠᠢᠷᠠᠭᠤᠯᠤᠭᠴᠢᠳ ᠲᠠᠢ ᠠᠭᠤᠯᠵᠠᠵᠤ ᠰᠠᠨᠠᠯ ᠵᠢᠡᠨ ᠰᠣᠯᠢᠯᠴᠠᠪᠠ
ᠱᠦ᠍ ᠭᠤᠸᠠᠩ 2018.07.04

      2018 ᠣᠨ ᠤ᠋ 6 ᠰᠠᠷ᠎ᠠ ᠵᠢᠨ 13 ᠤ᠋ ᠦᠳᠡ ᠵᠢᠨ ᠡᠮᠦᠨ᠎ᠡ ᠂ ᠲᠦᠩᠯᠢᠶᠣᠣ ᠬᠣᠲᠠ ᠵᠢᠨ ᠮᠣᠩᠭᠤᠯ ᠳᠤᠮᠳᠠᠳᠤ ᠰᠤᠷᠭᠠᠭᠤᠯᠢ ᠵᠢᠨ ᠪᠠᠭᠰᠢ ᠨᠠᠷ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠤ᠋ᠨ ᠬᠡᠪᠯᠡᠯ ᠤ᠋ᠨ ᠬᠣᠷᠢᠶᠠᠨ ᠳ᠋ᠤ᠌ ᠢᠷᠡᠵᠦ᠂ ᠬᠡᠯᠡ ᠪᠢᠴᠢᠭ᠌ ᠤ᠋ᠨ ᠨᠠᠢᠷᠠᠭᠤᠯᠤᠭᠴᠢᠳ ᠲᠠᠢ ᠠᠭᠤᠯᠵᠠᠵᠤ ᠰᠠᠨᠠᠯ ᠵᠢᠡᠨ ᠰᠣᠯᠢᠯᠴᠠᠪᠠ᠃ ᠲᠤᠰ ᠤᠳᠠᠭᠠᠨ ᠤ᠋ ᠬᠤᠷᠠᠯ ᠳ᠋ᠤ᠌ ᠥᠪᠦᠷ ᠮᠣᠩᠭᠤᠯ  ᠤ᠋ᠨ ᠬᠡᠪᠯᠡᠯ ᠤ᠋ᠨ ᠪᠦᠯᠦᠭᠯᠡᠯ ᠤ᠋ᠨ ᠠᠯᠪᠠᠨ ᠬᠡᠷ ᠤ᠋ᠨ ᠳᠡᠳ᠋ ᠡᠷᠬᠢᠯᠡᠭᠴᠢ ᠪᠠᠢ ᠢᠦᠢ ᠹᠧᠩ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠤ᠋ᠨ ᠬᠡᠪᠯᠡᠯ ᠤ᠋ᠨ ᠬᠣᠷᠢᠶᠠᠨ ᠤ᠋ ᠳᠡᠳ᠋ ᠶᠡᠷᠦᠩᠬᠡᠢ ᠨᠠᠢᠷᠠᠭᠤᠯᠤᠭᠴᠢ ᠵᠠᠩ ᠴᠡᠴᠡᠭ᠂ ᠶᠡᠷᠦᠩᠬᠡᠢ ᠨᠠᠢᠷᠠᠭᠤᠯᠤᠭᠴᠢ ᠵᠢᠨ ᠲᠤᠰᠠᠯᠠᠭᠴᠢ ᠰᠠᠷᠠᠨ᠎ᠠ᠂ ᠶᠡᠷᠦᠩᠬᠡᠢ ᠨᠠᠢᠷᠠᠭᠤᠯᠬᠤ ᠲᠠᠰᠤᠭ ᠤ᠋ᠨ ᠡᠷᠬᠢᠯᠡᠭᠴᠢ ᠪᠤᠤ ᠢᠦᠢ ᠯᠠᠨ᠂ ᠮᠣᠩᠭᠤᠯ ᠬᠡᠯᠡ ᠪᠢᠴᠢᠭ᠌ ᠤ᠋ᠨ ᠨᠠᠢᠷᠠᠭᠤᠯᠬᠤ ᠲᠠᠰᠤᠭ ᠤ᠋ᠨ ᠡᠷᠬᠢᠯᠡᠭᠴᠢ ᠰᠣᠶᠤᠯ᠂ ᠳᠡᠳ᠋ ᠡᠷᠬᠢᠯᠡᠭᠴᠢ ᠠᠯᠲᠠᠨᠱᠠᠭ᠎ᠠ᠂ ᠨᠣᠮ ᠪᠢᠴᠢᠭ᠌ ᠰᠡᠳᠦᠨ ᠨᠠᠢᠷᠠᠭᠤᠯᠬᠤ ᠲᠠᠰᠤᠭ ᠤ᠋ᠨ ᠳᠡᠳ᠋ ᠡᠷᠬᠢᠯᠡᠭᠴᠢ ᠨᠠᠷᠠᠨᠲᠤᠶᠠᠭ᠎ᠠ ᠵᠢᠴᠢ ᠮᠣᠩᠭᠤᠯ ᠬᠡᠯᠡ ᠪᠢᠴᠢᠭ᠌ ᠨᠠᠢᠷᠠᠭᠤᠯᠬᠤ ᠲᠠᠰᠤᠭ ᠤ᠋ᠨ ᠨᠠᠢᠷᠠᠭᠤᠯᠤᠭᠴᠢᠳ ᠣᠷᠤᠯᠴᠠᠪᠠ᠃

      ᠶᠠᠭᠤᠨ ᠤ᠋ ᠤᠷᠢᠳ ᠮᠠᠨ ᠤ᠋ ᠬᠣᠷᠢᠶᠠᠨ ᠤ᠋ ᠳᠡᠳ᠋ ᠶᠡᠷᠦᠩᠬᠡᠢ ᠨᠠᠢᠷᠠᠭᠤᠯᠤᠭᠴᠢ ᠵᠠᠩ ᠴᠡᠴᠡᠭ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠤ᠋ᠨ ᠬᠡᠪᠯᠡᠯ ᠤ᠋ᠨ ᠬᠣᠷᠢᠶᠠᠨ ᠤ᠋ ᠪᠡᠨ ᠲᠠᠯ᠎ᠠ ᠪᠠᠷ ᠲᠠᠨᠢᠯᠴᠠᠭᠤᠯᠬᠤ ᠵᠢᠨ ᠳᠠᠭᠠᠤ᠂ ᠰᠤᠷᠬᠤ ᠪᠢᠴᠢᠭ᠌ ᠨᠠᠢᠷᠠᠭᠤᠯᠬᠤ ᠠᠯᠬᠤᠮ ᠳᠠᠷᠠᠭ᠎ᠠ᠂ ᠨᠠᠢᠷᠠᠭᠤᠯᠵᠤ ᠪᠠᠢᠭ᠎ᠠ ᠪᠠᠢᠳᠠᠯ ᠵᠢᠡᠨ ᠨᠠᠷᠢᠨ ᠲᠣᠳᠤᠷᠬᠠᠢ ᠲᠠᠨᠢᠯᠴᠠᠭᠤᠯᠪᠠ᠃ ᠳᠠᠷᠠᠭ᠎ᠠ  ᠨᠢ ᠲᠦᠩᠯᠢᠶᠣᠣ ᠬᠣᠲᠠ ᠵᠢᠨ ᠮᠣᠩᠭᠤᠯ ᠳᠤᠮᠳᠠᠳᠤ ᠰᠤᠷᠭᠠᠭᠤᠯᠢ ᠵᠢᠨ ᠲᠦ᠋ᠬᠦᠷᠡᠩᠰᠠᠩ ᠪᠠᠭᠰᠢ ᠠ᠋ᠴᠠ ᠡᠨᠡ ᠤᠳᠠᠭᠠᠨ ᠤ᠋ ᠠᠭᠤᠯᠵᠠᠯᠲᠠ ᠳ᠋ᠤ᠌ ᠣᠷᠤᠯᠴᠠᠵᠤ ᠪᠠᠢᠭ᠎ᠠ ᠵᠣᠷᠢᠯᠭ᠎ᠠ ᠪᠡᠨ ᠲᠣᠪᠴᠢ ᠲᠣᠳᠤᠷᠬᠠᠢ ᠲᠤᠰᠢᠶᠠᠵᠤ᠂ ᠭᠣᠣᠯ  ᠨᠢ ᠬᠡᠯᠡ ᠪᠢᠴᠢᠭ᠌ ᠤ᠋ᠨ ᠬᠢᠴᠢᠶᠡᠯ ᠦᠨ ᠪᠢᠴᠢᠭ᠌ ᠦ᠋ᠨ ᠲᠠᠯ᠎ᠠ ᠪᠠᠷ ᠵᠠᠷᠢᠮ ᠵᠦᠢᠯ ᠢ᠋ ᠣᠢᠯᠠᠭᠠᠵᠤ᠂ ᠡᠭᠦᠨ ᠤ᠋ ᠲᠤᠬᠠᠢ ᠰᠠᠨᠠᠯ ᠰᠣᠯᠢᠯᠴᠠᠬᠤ ᠪᠠᠷ ᠢᠷᠡᠭᠰᠡᠨ ᠵᠢᠡᠨ ᠲᠣᠳᠤᠷᠬᠠᠢᠯᠠᠵᠠᠢ ᠃

     ᠬᠡᠳᠦᠢᠪᠡᠷ ᠴᠠᠭ ᠨᠢ ᠮᠠᠰᠢ ᠪᠠᠴᠢᠮ ᠪᠠᠢᠭᠰᠠᠨ ᠪᠣᠯᠪᠠᠴᠤ ᠪᠠᠭᠰᠢ ᠨᠠᠷ ᠪᠣᠯᠤᠨ ᠨᠠᠢᠷᠠᠭᠤᠯᠤᠭᠴᠢ ᠴᠢᠯᠦᠬᠡᠳ᠋ᠢ ᠪᠠᠷ ᠰᠠᠨᠠᠯ ᠵᠢᠡᠨ ᠰᠣᠯᠢᠯᠴᠠᠵᠤ ᠠᠰᠠᠭᠤᠳᠠᠯ ᠤ᠋ᠨ ᠭᠣᠣᠯ ᠵᠢᠡᠨ ᠳᠡᠪᠰᠢᠭᠦᠯᠵᠦ ᠴᠢᠳᠠᠭᠰᠠᠨ ᠪᠢᠯᠡ᠃ ᠡᠭᠦᠨ ᠳ᠋ᠤ᠌ ᠳᠡᠭᠡᠳᠦ ᠳᠤᠮᠳᠠᠳᠤ ᠵᠢᠨ ᠰᠤᠷᠬᠤ ᠪᠢᠴᠢᠭ᠌ ᠤ᠋ᠨ ᠲᠠᠯ᠎ᠠ ᠪᠠᠷ ᠬᠢ ᠵᠥᠪ ᠪᠢᠴᠢᠯᠭᠡ ᠵᠢᠨ ᠳᠦᠷᠢᠮᠵᠢᠯ᠂ ᠪᠠᠷᠢᠮᠵᠢᠶ᠎ᠠ ᠠᠶᠠᠯᠭᠤᠨ ᠤ᠋ ᠪᠠᠷᠢᠮᠵᠢᠶᠠᠵᠢᠯ᠂ ᠤᠯᠤᠰ ᠤ᠋ᠨ ᠰᠢᠯᠭᠠᠯᠲᠠ ᠵᠢᠴᠢ ᠮᠣᠩᠭᠤᠯ ᠬᠡᠯᠡᠨ ᠤ᠋ ᠵᠢᠭᠠᠨ ᠰᠤᠷᠭᠠᠯᠲᠠ ᠳ᠋ᠤ᠌ ᠣᠷᠤᠰᠢᠵᠤ ᠪᠠᠢᠭ᠎ᠠ ᠬᠦᠴᠢᠷᠳᠡᠯ ᠲᠠᠢ ᠠᠰᠠᠭᠤᠳᠠᠯ᠂ ᠰᠤᠷᠬᠤ ᠪᠢᠴᠢᠭ᠌ ᠪᠠ ᠰᠤᠷᠤᠭᠴᠢᠳ ᠤ᠋ᠨ ᠪᠣᠳᠠᠲᠤ ᠪᠠᠢᠳᠠᠯ ᠲᠠᠢ ᠵᠣᠬᠢᠴᠠᠬᠤ ᠦᠭᠡᠢ ᠪᠤᠶᠤ ᠬᠢᠴᠢᠶᠡᠯ ᠤ᠋ᠨ ᠲᠣᠬᠢᠷᠠᠭᠤᠯᠤᠯᠲᠠ ᠵᠢᠨ ᠲᠠᠯ᠎ᠠ ᠪᠠᠷ ᠵᠠᠷᠢᠮ ᠠᠰᠠᠭᠤᠳᠠᠯ᠂ ᠮᠡᠳᠡᠯᠭᠡ ᠵᠢᠨ ᠴᠡᠭ ᠢ᠋ ᠰᠢᠰᠲ᠋ᠧᠮ ᠲᠠᠢ ᠲᠣᠬᠢᠷᠠᠭᠤᠯᠬᠤ᠂ ᠰᠢᠨ᠎ᠡ ᠨᠡᠷ᠎ᠡ ᠲᠣᠮᠢᠶ᠎ᠠ ᠪᠠ ᠣᠷᠴᠢᠭᠤᠯᠭ᠎ᠠ᠂ ᠰᠢᠨᠵᠢᠯᠡᠭᠡ ᠮᠡᠷᠭᠡᠵᠢᠯ ᠲᠠᠢ ᠬᠣᠯᠪᠤᠭᠳᠠᠭᠰᠠᠨ ᠵᠣᠬᠢᠶᠠᠯ ᠪᠤᠶᠤ ᠲᠠᠢᠯᠪᠤᠷᠢ ᠵᠣᠬᠢᠶᠠᠯ ᠢ᠋ ᠵᠣᠬᠢᠬᠤ ᠬᠡᠮᠵᠢᠶ᠎ᠡ ᠪᠡᠷ ᠲᠣᠬᠢᠷᠠᠭᠤᠯᠬᠤ᠂ ᠵᠣᠬᠢᠶᠠᠯ ᠤ᠋ᠨ ᠤᠷᠳᠤ ᠣᠬᠤᠷ ᠤ᠋ᠨ ᠬᠡᠮᠵᠢᠶ᠎ᠡ ᠶ᠋ᠢ ᠵᠣᠬᠢᠴᠠᠭᠤᠯᠬᠤ᠂ ᠰᠢᠯᠭᠠᠯᠲᠠ ᠵᠢᠨ ᠪᠠᠢᠳᠠᠯ ᠳ᠋ᠤ᠌ ᠲᠣᠬᠢᠷᠠᠭᠰᠠᠨ᠂ ᠴᠠᠭ ᠦᠶ᠎ᠡ ᠵᠢᠨ ᠣᠨᠴᠠᠯᠢᠭ ᠲᠤ᠌ ᠲᠣᠬᠢᠷᠠᠭᠰᠠᠨ ᠮᠥᠷᠲᠡᠭᠡᠨ ᠰᠤᠷᠤᠭᠴᠢ ᠵᠢᠨ ᠰᠡᠳᠭᠢᠬᠦᠢ ᠵᠢᠨ ᠤᠨᠴᠠᠯᠢᠭ ᠲᠦ ᠲᠣᠬᠢᠷᠠᠭᠰᠠᠨ ᠵᠣᠬᠢᠶᠠᠯ ᠢ᠋ ᠢᠯᠡᠭᠦᠬᠡᠨ ᠣᠷᠤᠭᠤᠯᠵᠤ ᠨᠠᠢᠷᠠᠭᠤᠯᠪᠠᠯ ᠮᠠᠨ ᠤ᠋ ᠰᠤᠷᠬᠤ ᠪᠢᠴᠢᠭ᠌ ᠤᠯᠠᠮ ᠴᠢᠨ᠋ᠠᠷᠵᠢᠵᠤ᠂ ᠡᠬᠡ ᠬᠡᠯᠡ ᠪᠡᠨ ᠰᠤᠷᠬᠤ ᠪᠠ ᠵᠢᠭᠠᠬᠤ ᠲᠠᠯ᠎ᠠ ᠪᠠᠷ ᠪᠦᠷ ᠠᠮᠵᠢᠯᠲᠠ ᠤᠯᠬᠤ ᠪᠣᠯᠤᠨ᠎ᠠ ᠬᠡᠮᠡᠨ ᠰᠠᠨᠠᠯ ᠪᠣᠳᠤᠯ ᠵᠢᠡᠨ ᠴᠢᠯᠦᠭᠡᠲᠡᠢ ᠪᠡᠷ ᠳᠡᠯᠭᠡᠵᠡᠢ᠃ ᠬᠤᠷᠠᠯ ᠤ᠋ᠨ ᠳᠡᠬᠦᠰᠬᠡᠯ ᠳ᠋ᠤ᠌ ᠥᠪᠦᠷ ᠮᠣᠩᠭᠤᠯ ᠤ᠋ᠨ ᠬᠡᠪᠯᠡᠯ ᠤ᠋ᠨ ᠪᠦᠯᠦᠭᠯᠡᠯ ᠤ᠋ᠨ ᠠᠯᠪᠠᠨ ᠬᠡᠷ ᠤ᠋ᠨ ᠳᠡᠳ᠋ ᠡᠷᠬᠢᠯᠡᠭᠴᠢ ᠪᠠᠢ ᠢᠦᠢ ᠹᠧᠩ ᠨᠥ᠋ᠬᠦᠷ ᠠ᠋ᠴᠠ᠄ ᠥᠪᠦᠷ ᠮᠣᠩᠭᠤᠯ ᠤ᠋ᠨ ᠬᠡᠪᠯᠡᠯ ᠤ᠋ᠨ ᠪᠦᠯᠦᠭᠯᠡᠯ ᠪᠣᠯᠤᠨ ᠥᠪᠦᠷ ᠮᠣᠩᠭᠤᠯ ᠤ᠋ᠨ ᠰᠤᠷᠭᠠᠨ ᠬᠥᠮᠦᠵᠢᠯ ᠤ᠋ᠨ ᠬᠡᠪᠯᠡᠯ ᠤ᠋ᠨ ᠬᠣᠷᠢᠶ᠎ᠠ  ᠨᠢ ᠮᠣᠩᠭᠤᠯ ᠵᠢᠭᠠᠨ ᠰᠤᠷᠭᠠᠯᠲᠠ ᠵᠢᠨ ᠴᠢᠬᠤᠯᠠ ᠨᠢᠭᠡᠨ ᠰᠠᠭᠤᠷᠢ ᠪᠣᠯᠤᠭᠰᠠᠨ ᠲᠦᠩᠯᠢᠶᠣᠣ ᠬᠣᠲᠠ ᠵᠢᠨ ᠮᠣᠩᠭᠤᠯ ᠳᠤᠮᠳᠠᠳᠤ ᠰᠤᠷᠭᠠᠭᠤᠯᠢ ᠵᠢᠨ ᠪᠠᠭᠰᠢ ᠨᠠᠷ ᠲᠠᠢ ᠢᠯᠡᠭᠦᠬᠡᠨ ᠬᠠᠪᠰᠤᠷᠤᠯᠴᠠᠨ᠂ ᠰᠠᠨᠠᠯ ᠪᠣᠳᠤᠯ ᠵᠢᠡᠨ ᠰᠣᠯᠢᠯᠴᠠᠨ᠂ ᠬᠠᠷᠢᠯᠴᠠᠭ᠎ᠠ ᠪᠡᠨ ᠤᠯᠠᠮ ᠰᠠᠢᠵᠢᠷᠠᠭᠤᠯᠵᠤ᠂ ᠨᠠᠢᠷᠠᠭᠤᠯᠤᠭᠴᠢᠳ ᠪᠠ ᠪᠠᠭᠰᠢ ᠨᠠᠷ  ᠤ᠋ᠨ ᠶᠠᠪᠤᠯᠴᠠᠭ᠎ᠠ ᠬᠠᠷᠢᠯᠴᠠᠭ᠎ᠠ ᠶ᠋ᠢ ᠰᠠᠢᠵᠢᠷᠠᠭᠤᠯᠬᠤ ᠨᠢ ᠤᠯᠠᠮ ᠠᠰᠢᠭ ᠲᠠᠢ ᠪᠣᠯᠤᠨ᠎ᠠ ᠬᠡᠮᠡᠵᠡᠢ ᠃

     ᠲᠤᠰ ᠤᠳᠠᠭᠠᠨ ᠤ᠋ ᠬᠤᠷᠠᠯ ᠪᠣᠯ ᠮᠠᠰᠢ ᠴᠢᠬᠤᠯᠠ ᠤᠳᠭ᠎ᠠ ᠠᠭᠤᠯᠭ᠎ᠠ ᠲᠠᠢ ᠬᠤᠷᠠᠯ ᠤ᠋ᠨ ᠨᠢᠭᠡ ᠪᠣᠯᠬᠤ ᠶᠤᠮ᠃ ᠤᠴᠢᠷ ᠨᠢ ᠦᠨᠳᠦᠰᠦᠨ ᠱᠠᠳ᠋ᠣᠨ ᠤ᠋ ᠪᠠᠭᠰᠢ ᠨᠠᠷ᠂ ᠥᠪᠡᠷ ᠵᠢᠡᠨ ᠵᠣᠷᠢᠯᠭ᠎ᠠ ᠲᠠᠢ᠂ ᠰᠠᠨᠠᠭᠠᠴᠢᠯᠠᠭ᠎ᠠ ᠲᠠᠢ ᠪᠠᠷ ᠰᠤᠷᠬᠤ ᠪᠢᠴᠢᠭ᠌ ᠤ᠋ᠨ ᠨᠠᠢᠷᠠᠭᠤᠯᠤᠭᠴᠢᠳ ᠲᠠᠢ ᠨᠢᠭᠤᠷᠳᠠᠨ ᠠᠭᠤᠯᠵᠠᠵᠤ ᠰᠠᠨᠠᠯ ᠪᠣᠳᠤᠯ ᠵᠢᠡᠨ ᠰᠣᠯᠢᠯᠴᠠᠵᠤ ᠪᠠᠢᠭ᠎ᠠ  ᠨᠢ ᠮᠠᠨ ᠤ᠋ ᠰᠤᠷᠬᠤ ᠪᠢᠴᠢᠭ᠌ ᠢ᠋ ᠬᠦᠨᠳᠦᠳᠭᠡᠵᠦ ᠪᠠᠢᠬᠤ ᠪᠠᠷ ᠪᠠᠷᠠᠬᠤ ᠦᠭᠡᠢ᠂ ᠪᠢᠳᠡᠨ ᠦ᠌ ᠬᠣᠵᠢᠮ ᠰᠤᠷᠬᠤ ᠪᠢᠴᠢᠭ᠌ ᠵᠢᠡᠨ ᠤᠯᠠᠮ ᠲᠡᠭᠦᠯᠳᠡᠷᠵᠢᠭᠦᠯᠦᠨ ᠨᠠᠢᠷᠠᠭᠤᠯᠬᠤ ᠳ᠋ᠤ᠌ ᠴᠢᠬᠤᠯᠠ ᠠᠴᠢ ᠬᠣᠯᠪᠤᠭᠳᠠᠯ ᠲᠠᠢ ᠶᠠᠪᠤᠳᠠᠯ ᠪᠣᠯᠬᠤ ᠶᠤᠮ᠃

 

 

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠰᠤᠷᠭᠠᠨ
ᠬᠦᠮᠦᠵᠢᠯ ᠤᠨ
ᠬᠡᠪᠯᠡᠯ ᠤᠨ
ᠬᠤᠷᠢᠶ᠎ᠠ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604