ᠨᠠᠢ᠍ᠮᠠᠨ ᠮᠤᠵᠢ ᠣᠷᠤᠨ ᠤ᠋ ᠳᠥᠷᠪᠡᠳᠦᠭᠡᠷ ᠬᠤᠭᠤᠴᠠᠭᠠᠨ ᠤ᠋ ᠮᠣᠩᠭᠤᠯ ᠨᠣᠮ ᠤ᠋ᠨ ᠦᠵᠡᠭᠦᠯᠭᠡ ᠬᠥᠬᠡᠨᠠᠭᠤᠷ ᠮᠣᠵᠢ ᠶ᠋ᠢᠨ ᠬᠠᠢᠰᠢ ᠵᠧᠦ ᠶ᠋ᠢᠨ ᠳᠡᠯᠡᠬᠡᠢ ᠬᠣᠲᠠ ᠳ᠋ᠤ᠌ ᠦᠪᠡᠳᠡᠭᠰᠢ ᠶᠡᠬᠡ ᠪᠡᠷ ᠶᠠᠪᠤᠭᠳᠠᠯ᠎ᠠ
ᠱᠦ᠍ ᠭᠤᠸᠠᠩ 2018.08.29

 

      ᠬᠣᠩᠭᠤᠷ ᠰᠠᠯᠬᠢ ᠰᠡᠪᠡᠯᠵᠡᠭᠰᠡᠨ ᠨᠠᠯᠠᠭᠠᠷ ᠨᠠᠮᠤᠷ ᠤ᠋ᠨ ᠥᠯᠵᠡᠢᠲᠦ ᠰᠠᠢᠬᠠᠨ ᠡᠳᠦᠷ | 2018 ᠣᠨ ᠤ᠋ 8 ᠰᠠᠷ᠎ᠠ ᠶ᠋ᠢᠨ 17 ᠳ᠋ᠤ᠌ ᠨᠠᠢ᠍ᠮᠠᠨ ᠮᠤᠵᠢ ᠣᠷᠤᠨ ᠤ᠋ ᠳᠥᠷᠪᠡᠳᠦᠭᠡᠷ ᠬᠤᠭᠤᠴᠠᠭᠠᠨ ᠤ᠋ ᠮᠣᠩᠭᠤᠯ ᠨᠣᠮ ᠤ᠋ᠨ ᠦᠵᠡᠭᠦᠯᠭᠡ ᠬᠥᠬᠡᠨᠠᠭᠤᠷ ᠮᠤᠵᠢ ᠶ᠋ᠢᠨ ᠬᠠᠢᠱᠢ ᠵᠸᠦ ᠶ᠋ᠢᠨ ᠳᠡᠯᠡᠬᠡᠢ ᠬᠣᠲᠠᠨ᠎ᠠ ᠨᠣᠮ ᠤ᠋ᠨ ᠬᠡᠰᠢᠭ ᠬᠣᠷᠤᠢᠯᠡᠨ ᠬᠥᠰᠢᠭᠡ ᠪᠡᠨ ᠰᠡᠬᠦᠯ᠎ᠡ᠃

    ᠲᠤᠰ ᠬᠤᠭᠤᠴᠠᠭᠠᠨ ᠤ᠋ ᠦᠵᠡᠭᠦᠯᠭᠡ ᠶ᠋ᠢ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ᠂ ᠬᠠᠢᠰᠢ ᠵᠸᠦ ᠶ᠋ᠢᠨ ᠨᠠᠮ ᠤ᠋ᠨ ᠬᠣᠷᠢᠶ᠎ᠠ᠂ ᠬᠠᠢᠰᠢ ᠵᠸᠦ ᠶ᠋ᠢᠨ ᠵᠠᠰᠠᠭ ᠤ᠋ᠨ ᠣᠷᠳᠤᠨ ᠡᠷᠬᠢᠯᠡᠨ᠂ ᠳᠡᠯᠡᠬᠡᠢ ᠬᠣᠲᠠ ᠶ᠋ᠢᠨ ᠨᠠᠮ ᠤ᠋ᠨ ᠬᠣᠷᠢᠶ᠎ᠠ᠂ ᠳᠡᠯᠡᠬᠡᠢ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠤᠨ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠬᠠᠢᠰᠢ ᠵᠸᠦ ᠶ᠋ᠢᠨ ᠦᠨᠳᠦᠰᠦᠲᠡᠨ ᠦ᠌ ᠬᠡᠯᠡ ᠪᠢᠴᠢᠭ ᠦ᠋ᠨ ᠠᠯᠪᠠᠨ ᠭᠡᠷ ᠳᠠᠭᠠᠭᠠᠴᠢᠯᠠᠨ ᠬᠢᠵᠡᠢ᠃

    ᠦᠵᠡᠭᠦᠯᠭᠡ ᠶ᠋ᠢᠨ ᠡᠬᠢᠯᠡᠯᠲᠡ ᠶ᠋ᠢᠨ ᠶᠣᠰᠣᠯᠠᠯ ᠳ᠋ᠤ᠌ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠤ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠳᠠᠷᠤᠭ᠎ᠠ ᠯᠢᠩᠰᠠᠢᠮ᠎ᠠ᠂ ᠬᠥᠬᠡᠨᠠᠭᠤᠷ ᠮᠣᠵᠢ ᠶ᠋ᠢᠨ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠵᠢᠤᠸᠠᠨ ᠴᠢ ᠵᠠᠩ᠂ ᠬᠠᠢᠰᠢ ᠵᠸᠦ ᠶ᠋ᠢᠨ ᠵᠠᠰᠠᠭ ᠤ᠋ᠨ ᠣᠷᠳᠤᠨ ᠤ᠋ ᠳᠡᠳ᠋ ᠳᠠᠷᠤᠭ᠎ᠠ ᠴᠢᠶᠠᠨ ᠭᠦᠸᠸ ᠴᠢᠩ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠠᠵᠢᠯᠲᠠᠨ ᠤ᠋ ᠡᠪᠯᠡᠯ ᠦ᠋ᠨ ᠲᠡᠷᠢᠭᠦᠯᠡᠭᠴᠢ ᠮᠥᠩᠬᠡ ᠨᠥᠬᠦᠷ ᠵᠡᠷᠭᠡ ᠤᠳᠤᠷᠢᠳᠤᠯᠭ᠎ᠠ ᠡᠴᠡ ᠶᠠᠷᠢᠶ᠎ᠠ ᠲᠠᠯᠪᠢᠵᠤ᠂ ᠮᠣᠩᠭᠤᠯ ᠬᠡᠯᠡ ᠰᠣᠶᠤᠯ ᠤ᠋ᠨ ᠣᠳᠣᠬᠢ ᠪᠠᠢᠳᠠᠯ ᠪᠠ ᠢᠷᠡᠭᠡᠳᠦᠢ ᠶ᠋ᠢᠨ ᠬᠥᠭᠵᠢᠯᠲᠡ ᠶ᠋ᠢᠨ ᠲᠤᠬᠠᠢ ᠥᠭᠦᠯᠡᠵᠦ᠂ ᠦᠵᠡᠭᠦᠯᠭᠡ ᠶ᠋ᠢᠨ ᠲᠡᠭᠦᠰ ᠠᠮᠵᠢᠯᠲᠠ ᠲᠠᠢ ᠶᠠᠪᠤᠭᠳᠠᠬᠤ ᠶ᠋ᠢ ᠵᠥᠩᠨᠡᠨ ᠢᠷᠦᠭᠡᠪᠡ᠃

     ᠦᠵᠡᠰᠭᠦᠯᠡᠩ ᠳ᠋ᠦ᠍ ᠨᠠᠢ᠍ᠮᠠᠨ ᠮᠣᠵᠢ ᠣᠷᠤᠨ ᠤ᠋ 13 ᠬᠡᠪᠯᠡᠯ ᠦ᠋ᠨ ᠪᠠᠢᠭᠤᠯᠭ᠎ᠠ ᠶ᠋ᠢᠨ 2300 ᠭᠠᠷᠤᠢ ᠲᠥᠷᠦᠯ ᠦ᠋ᠨ ᠨᠣᠮ ᠢ᠋ ᠳᠡᠯᠭᠡᠨ ᠦᠵᠡᠭᠦᠯᠵᠡᠢ᠃

     ᠦᠵᠡᠭᠦᠯᠭᠡ ᠶ᠋ᠢᠨ ᠲᠦᠷᠦᠭᠦᠨ ᠳ᠋ᠦ᠍ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ᠥᠪᠦᠷ ᠮᠣᠩᠭᠤᠯ ᠤ᠋ᠨ ᠮᠣᠩᠭᠤᠯ ᠬᠡᠯᠡᠨ ᠦ᠌ ᠨᠤᠲᠤᠭ ᠤ᠋ᠨ ᠠᠶᠠᠯᠭᠤᠨ ᠤ᠋ ᠭᠠᠵᠠᠷ ᠤ᠋ᠨ ᠵᠢᠷᠤᠭ ᠤ᠋ᠨ ᠪᠠᠢᠴᠠᠭᠠᠯᠲᠠ ᠶ᠋ᠢᠨ ᠮᠠᠲ᠋ᠧᠷᠢᠶᠠᠯ ᠤ᠋ᠨ ᠴᠤᠪᠤᠷᠠᠯᠰᠢᠨ᠎ᠡ ᠨᠣᠮ ᠰᠡᠬᠦᠬᠦ ᠶᠣᠰᠤᠯᠠᠯ ᠶᠠᠪᠤᠭᠳᠠᠪᠠ᠃ ᠶᠣᠰᠤᠯᠠᠯ ᠳ᠋ᠤ᠌ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠵᠣᠷᠢᠭᠲᠦ ᠫᠷᠣᠹᠧᠰᠰᠣᠷ ᠪᠠ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠤᠯ ᠡᠷᠳᠡᠮᠲᠡᠨ ᠮᠥᠩᠬᠡᠪᠤᠶᠠᠨ ᠨᠥᠬᠦᠷ ᠡᠴᠡ ᠲᠤᠰ ᠨᠣᠮ ᠢ᠋ ᠲᠤᠭᠤᠷᠪᠢᠨ ᠪᠢᠴᠢᠭᠰᠡᠨ ᠶᠠᠪᠤᠴᠠ ᠵᠢᠴᠢ ᠬᠡᠪᠯᠡᠭᠳᠡᠭᠰᠡᠨ ᠠᠴᠢ ᠬᠣᠯᠪᠤᠭᠳᠠᠯ ᠵᠡᠷᠭᠡ ᠶ᠋ᠢ ᠥᠭᠦᠯᠡᠨ᠂ ᠦᠵᠡᠭᠦᠯᠭᠡ ᠶ᠋ᠢᠨ ᠬᠥᠳᠡᠯᠭᠡᠭᠡᠨ ᠢ᠋ ᠤᠯᠠᠮ ᠢᠳᠡ ᠬᠦᠭᠵᠢᠭᠡᠨ ᠲᠠᠢ ᠪᠣᠯᠭᠠᠭᠰᠠᠨ ᠪᠠᠢᠨ᠎ᠠ᠃ ᠳᠠᠷᠠᠭ᠎ᠠ ᠨᠢ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠰᠡᠲᠦᠨ ᠨᠠᠢᠷᠠᠭᠤᠯᠬᠤ ᠲᠠᠰᠤᠭ ᠤ᠋ᠨ ᠡᠷᠬᠢᠯᠡᠭᠰᠡᠨᠪᠦᠪᠡᠢ ᠶ᠋ᠢᠨ ᠡᠭᠡᠰᠢᠭᠱᠢᠨ᠎ᠡ ᠨᠣᠮ ᠤ᠋ᠨ ᠲᠠᠨᠢᠯᠴᠠᠭᠤᠯᠭ᠎ᠠ ᠶ᠋ᠢᠨ ᠬᠥᠳᠡᠯᠭᠡᠭᠡᠨ ᠥᠷᠨᠢᠨ ᠶᠠᠪᠤᠭᠳᠠᠪᠠ᠃ ᠬᠥᠳᠡᠯᠭᠡᠭᠡᠨ ᠳ᠋ᠦ᠍ᠮᠣᠩᠭᠤᠯ ᠬᠡᠯᠡ ᠰᠤᠷᠬᠤ ᠣᠩᠰᠢᠭᠤᠯ ᠪᠢᠷ᠂ ᠮᠢᠨᠦ ᠬᠣᠷᠸ᠎ᠠ | ᠪᠦᠪᠡᠢ ᠶ᠋ᠢᠨ ᠡᠭᠡᠰᠢᠭᠬᠡᠦᠬᠡᠳ ᠦ᠋ᠨ ᠴᠡᠴᠡᠷᠯᠢᠭ ᠦ᠋ᠨ ᠠᠮᠢᠳᠤᠷᠠᠯ ᠤ᠋ᠨ ᠰᠡᠳᠦᠪᠳᠦ ᠰᠤᠷᠬᠤ ᠪᠢᠴᠢᠭ | ᠭᠠᠷ ᠤᠷᠠᠯᠠᠯ ᠭᠡᠮᠡᠬᠦ ᠭᠤᠷᠪᠠᠨ ᠱᠢᠷᠢᠰ ᠨᠣᠮ ᠢ᠋ ᠲᠠᠨᠢᠯᠴᠠᠭᠤᠯᠵᠤ᠂ ᠮᠣᠩᠭᠤᠯ ᠳᠡᠭᠦᠦ ᠨᠠᠷ ᠲᠤ᠌ ᠪᠠᠨ ᠣᠶᠤᠨ ᠤ᠋ ᠬᠤᠷ᠎ᠠ ᠱᠢᠮ᠎ᠡ ᠪᠠᠨ ᠡᠷᠭᠦᠨ ᠳᠡᠪᠰᠢᠭᠦᠯᠦᠭᠰᠡᠨ ᠪᠠᠢᠨ᠎ᠠ᠃ ᠪᠦᠪᠡᠢ ᠶ᠋ᠢᠨ ᠡᠭᠡᠰᠢᠭ ᠰᠢᠨ᠎ᠡ ᠨᠣᠮ ᠢ᠋ ᠲᠠᠨᠢᠯᠴᠠᠭᠤᠯᠬᠤ ᠠᠭᠱᠠᠨ ᠳ᠋ᠤ᠌ ᠳᠡᠯᠡᠬᠡᠢ ᠬᠣᠲᠠ ᠶ᠋ᠢᠨ ᠦᠨᠳᠦᠰᠦᠲᠡᠨ ᠦ᠌ ᠰᠤᠷᠭᠠᠭᠤᠯᠢ ᠶ᠋ᠢᠨ ᠬᠠᠷᠢᠶᠠᠳᠦ ᠮᠣᠩᠭᠤᠯ ᠴᠡᠴᠡᠷᠯᠢᠭ ᠦ᠋ᠨ ᠳᠡᠭᠦᠦ ᠨᠠᠷ ᠠ᠋ᠴᠠ ᠤᠨᠠᠭᠠᠨ ᠬᠥᠭᠡᠷᠦᠬᠦᠨ ᠳᠠᠭᠤ ᠲᠠᠢ᠂ ᠤᠷᠤᠰᠤᠮ᠎ᠠ ᠰᠠᠢᠬᠠᠨ ᠠᠶᠠᠯᠭᠤ ᠲᠠᠢ᠂ ᠤᠬᠠᠭᠠᠨᠲᠤ ᠮᠣᠩᠭᠤᠯ ᠤ᠋ᠨ ᠠᠭᠤᠯᠭ᠎ᠠ ᠲᠠᠢ ᠤᠶᠠᠩᠭ᠎ᠠ ᠰᠢᠯᠦᠭ ᠢ᠋ᠶ᠋ᠡᠨ ᠤᠶᠠᠰᠤᠮ᠎ᠠ ᠤᠶᠠᠷᠠᠮ᠎ᠠ ᠰᠡᠳᠭᠢᠯᠭᠡ ᠪᠡᠷ ᠦᠵᠡᠭᠴᠢᠳ ᠣᠯᠠᠨ ᠳ᠋ᠤ᠌ ᠰᠢᠯᠦᠭᠯᠡᠨ᠂ ᠬᠥᠮᠦᠨ ᠪᠦᠬᠦᠨ ᠦ᠌ ᠰᠡᠳᠭᠢᠯ ᠢ᠋ ᠳᠣᠭᠳᠤᠯᠤᠭᠤᠯᠤᠨ᠂ ᠬᠥᠳᠡᠯᠭᠡᠭᠡᠨ ᠳ᠋ᠤ᠌ ᠬᠦᠷ ᠨᠠᠢᠷ ᠨᠡᠮᠡᠵᠦ᠂ ᠦᠵᠡᠭᠦᠯᠭᠡ ᠶ᠋ᠢᠨ ᠭᠢᠯᠡᠰ ᠴᠡᠭ ᠪᠣᠯᠵᠠᠢ᠃ ᠳᠡᠯᠡᠬᠡᠢ ᠬᠣᠲᠠ ᠶ᠋ᠢᠨ ᠦᠨᠳᠦᠰᠦᠲᠡᠨ ᠦ᠌ ᠰᠤᠷᠭᠠᠭᠤᠯᠢ ᠶ᠋ᠢᠨ ᠬᠠᠷᠢᠶᠠᠲᠦ ᠮᠣᠩᠭᠤᠯ ᠴᠡᠴᠡᠷᠯᠢᠭ ᠦ᠋ᠨ ᠬᠥᠭᠡᠷᠦᠬᠦᠨ ᠳᠡᠭᠦᠦ ᠨᠠᠷ ᠦ᠋ᠨ ᠲᠣᠭᠯᠠᠨ ᠰᠢᠯᠦᠭᠯᠡᠭᠰᠡᠨ ᠤᠶᠠᠩᠭ᠎ᠠ ᠶ᠋ᠢᠨ ᠠᠶᠠᠯᠭᠤ ᠳᠤᠮᠳᠠ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠮᠣᠩᠭᠤᠯ ᠨᠣᠮ ᠤ᠋ᠨ ᠦᠵᠡᠭᠦᠯᠭᠡ ᠶ᠋ᠢᠨ ᠬᠥᠳᠡᠯᠭᠡᠭᠡᠨ ᠴᠦ ᠣᠷᠭᠢᠯ ᠳ᠋ᠤ᠌ ᠪᠠᠨ ᠬᠦᠷᠦᠭᠰᠡᠨ ᠪᠠᠢᠨ᠎ᠠ᠃

     ᠬᠥᠳᠡᠯᠭᠡᠭᠡᠨ ᠦ᠌ ᠡᠴᠦᠰ ᠲᠦ᠍ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠳᠡᠳ᠋ ᠶᠡᠷᠦᠩᠬᠡᠢ ᠨᠠᠢᠷᠠᠭᠤᠯᠤᠭᠴᠢ ᠵᠠᠩ ᠴᠡᠴᠡᠭ ᠨᠥᠬᠦᠷ ᠳᠡᠯᠡᠬᠡᠢ ᠬᠣᠲᠠ ᠶ᠋ᠢᠨ ᠦᠨᠳᠦᠰᠦᠲᠡᠨ ᠦ᠌ ᠰᠤᠷᠭᠠᠭᠤᠯᠢ ᠶ᠋ᠢᠨ ᠬᠠᠷᠢᠶᠠᠳᠦ ᠮᠣᠩᠭᠤᠯ ᠴᠡᠴᠡᠷᠯᠢᠭ ᠲᠦ᠍ ᠣᠶᠤᠨ ᠤ᠋ ᠳᠡᠭᠡᠵᠢ ᠪᠣᠯᠬᠤ ᠨᠣᠮ ᠤ᠋ᠨ ᠪᠡᠯᠡᠭ ᠢ᠋ᠶ᠋ᠡᠨ ᠭᠠᠷᠳᠠᠭᠤᠯᠤᠭᠰᠠᠨ ᠪᠠᠢᠨ᠎ᠠ᠃

    ᠨᠠᠢ᠍ᠮᠠᠨ ᠮᠤᠵᠢ ᠣᠷᠤᠨ ᠤ ᠳᠥᠷᠪᠡᠳᠦᠭᠡᠷ ᠬᠤᠭᠤᠴᠠᠭᠠᠨ ᠤ ᠮᠣᠩᠭᠤᠯ ᠨᠣᠮ ᠤᠨ ᠦᠵᠡᠭᠦᠯᠭᠡ ᠳᠦ ᠥᠪᠦᠷ ᠮᠣᠩᠭᠤᠯ ᠤᠨ ᠰᠤᠷᠭᠠᠨ ᠬᠥᠮᠦᠵᠢᠯ ᠦᠨ ᠬᠡᠪᠯᠡᠯ ᠦᠨ ᠬᠣᠷᠢᠶᠠᠨ ᠤ ᠬᠠᠷᠢᠶᠠᠲᠤ ᠺᠣᠮᠫᠠᠨᠢ ᠪᠣᠯᠬᠤ ᠮᠤᠨᠢ ᠨᠡᠷᠡᠮᠵᠢᠲᠦ ᠰᠣᠶᠤᠯ ᠤᠨ ᠵᠠᠭᠤᠴᠢ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠠᠴᠠᠳᠠᠶᠠᠩ ᠮᠣᠩᠭᠤᠯ ᠬᠢᠲᠠᠳ ᠣᠶᠤᠨᠴᠢ ᠰᠤᠷᠭᠠᠨ ᠬᠥᠮᠦᠵᠢᠯ ᠦᠨ ᠲᠠᠪᠴᠠᠩᠳᠠᠶᠠᠩ ᠬᠤᠳᠠᠯᠳᠤᠭᠠᠨ ᠤ ᠲᠠᠪᠴᠠᠩᠳᠠᠶᠠᠩ ᠵᠢᠱ᠌ᠢᠮᠡᠭ ᠲᠤᠷᠰᠢᠯᠲᠠ ᠵᠡᠷᠭᠡ ᠰᠢᠷᠢᠰ ᠪᠦᠲᠦᠭᠡᠭᠳᠡᠬᠦᠨ ᠢᠶᠡᠨ ᠳᠡᠯᠭᠡᠨ ᠦᠵᠡᠭᠦᠯᠦᠭᠰᠡᠨ ᠶᠤᠮ᠃

     ᠦᠨᠳᠦᠰᠦᠲᠡᠨ ᠦ ᠰᠤᠷᠭᠠᠨ ᠬᠥᠮᠦᠵᠢᠯ ᠦᠨ ᠳ᠋ᠢᠭᠢᠲ᠋ᠴᠢᠯᠡᠯᠲᠡ ᠪᠠ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠦᠭᠡ ᠰᠡᠲᠦᠨ ᠦᠢᠯᠡᠳᠦᠭᠰᠡᠨᠳᠠᠶᠠᠩ ᠮᠣᠩᠭᠤᠯ ᠬᠢᠲᠠᠳ ᠣᠶᠤᠨᠴᠢ ᠰᠤᠷᠭᠠᠨ ᠬᠥᠮᠦᠵᠢᠯ ᠦᠨ ᠲᠠᠪᠴᠠᠩᠨᠢ ᠬᠢᠴᠢᠶᠡᠯ ᠪᠡᠯᠡᠳᠭᠡᠬᠦ᠂ ᠬᠢᠴᠢᠶᠡᠯ ᠣᠷᠤᠬᠤ᠂ ᠪᠢᠴᠢᠯ ᠬᠢᠴᠢᠶᠡᠯ ᠰᠢᠩᠭᠡᠭᠡᠬᠦ ᠵᠢᠴᠢ ᠳᠠᠰᠭᠠᠯ ᠰᠢᠯᠭᠠᠯᠲᠠ ᠵᠡᠷᠭᠡ ᠰᠤᠷᠭᠠᠭᠤᠯᠢ ᠶᠢᠨ ᠰᠤᠷᠭᠠᠨ ᠬᠥᠮᠦᠵᠢᠯ ᠦᠨ ᠡᠯ᠎ᠡ ᠭᠣᠭᠴᠤᠭᠠᠨ ᠤ ᠱᠠᠭᠠᠷᠳᠠᠯᠭ᠎ᠠ  ᠳᠤ ᠨᠡᠢᠴᠡᠭᠰᠡᠨ ᠮᠣᠩᠭᠤᠯ ᠬᠢᠲᠠᠳ ᠬᠣᠣᠰ ᠬᠡᠯᠡᠨ ᠤ ᠦᠢᠯᠡᠴᠢᠯᠡᠭᠡ ᠲᠠᠢ ᠣᠶᠤᠨᠴᠢ ᠲᠠᠪᠴᠠᠩ ᠪᠣᠯᠤᠨ᠎ᠠ᠃

     ᠡᠭᠦᠨ ᠦ ᠬᠠᠮᠲᠤ ᠳᠡᠯᠭᠡᠨ ᠦᠵᠡᠭᠦᠯᠦᠭᠰᠡᠨᠳᠠᠶᠠᠩ e ᠬᠤᠳᠠᠯᠳᠤᠭᠠᠨ ᠤ ᠳᠠᠪᠴᠠᠩᠨᠢ ᠮᠣᠩᠭᠤᠯ ᠬᠢᠲᠠᠳ ᠬᠣᠶᠠᠷ ᠬᠡᠯᠡᠪᠡᠷ ᠦᠢᠯᠡᠴᠢᠯᠡᠭᠡ ᠬᠠᠩᠭᠠᠵᠤ ᠪᠠᠢᠭ᠎ᠠ ᠬᠠᠮᠤᠭ ᠠᠩᠬᠠᠨ ᠤ ᠢᠨᠲ᠋ᠧᠷᠨᠧᠲ ᠬᠤᠳᠠᠯᠳᠤᠭᠠᠨ ᠤ ᠳᠠᠪᠴᠠᠩ ᠪᠣᠯᠬᠣ ᠶᠤᠮ᠃ ᠲᠤᠰ ᠳᠠᠪᠴᠠᠩ ᠨᠢ ᠮᠣᠩᠭᠤᠯ ᠬᠢᠲᠠᠳ ᠴᠠᠭᠠᠰᠤᠯᠢᠭ ᠨᠣᠮ ᠪᠢᠴᠢᠭ᠌ ᠪᠠ ᠳ᠋ᠢᠭᠢᠲ ᠨᠣᠮ ᠪᠢᠴᠢᠭ᠌ ᠤᠨ ᠢᠨᠲ᠋ᠧᠷᠨᠧᠲ ᠲᠠᠷᠬᠠᠭᠠᠯᠲᠠ ᠪᠣᠯᠤᠨ ᠪᠦᠬᠦ ᠠᠷᠠᠳ ᠤᠨ ᠳ᠋ᠢᠭᠢᠲ ᠤᠩᠰᠢᠯᠭ᠎ᠠ ᠵᠢᠨ ᠦᠢᠯᠡᠴᠢᠯᠡᠭᠡ ᠵᠢ ᠬᠠᠩᠭᠠᠵᠤ᠂ ᠭᠠᠵᠠᠷ ᠤᠷᠤᠨ ᠤ ᠬᠢᠵᠠᠭᠠᠷᠯᠠᠯ ᠪᠣᠯᠤᠨ ᠤᠷᠤᠨ ᠵᠠᠢ ᠵᠢᠨ ᠲᠦᠭᠵᠢᠷᠡᠯ ᠢ ᠦᠭᠡᠢᠰᠭᠡᠵᠦ᠂ ᠬᠢᠯᠢ ᠬᠢᠵᠠᠭᠠᠷ ᠤᠨ ᠮᠠᠯᠵᠢᠬᠤ ᠲᠠᠷᠢᠶᠠᠯᠠᠬᠤ ᠤᠷᠤᠨ ᠤ ᠤᠩᠰᠢᠭᠴᠢᠳ ᠤᠨᠨᠣᠮ ᠠᠪᠬᠤ ᠬᠦᠴᠢᠷᠳᠡᠯ᠂ ᠨᠣᠮ ᠤᠩᠰᠢᠬᠤ ᠬᠦᠴᠢᠷᠳᠡᠯ ᠢ ᠰᠢᠢᠳᠪᠦᠷᠢᠯᠡᠨ᠂ ᠦᠨᠳᠦᠰᠦᠲᠡᠨ ᠦ ᠦᠰᠦᠭ ᠪᠢᠴᠢᠭ᠌ ᠦᠨ ᠬᠡᠪᠯᠡᠯ ᠦᠨ ᠦᠢᠯᠡᠰ  ᠦᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠶᠤᠯ ᠤᠨ ᠲᠠᠷᠬᠠᠨ ᠳᠡᠯᠭᠡᠷᠡᠬᠦ ᠬᠦᠴᠦᠨ ᠢ ᠴᠢᠩᠭᠠᠷᠠᠭᠤᠯᠪᠠ᠃

     《ᠳᠠᠶᠠᠩ ᠵᠢᠱ᠌ᠢᠮᠡᠭ ᠲᠤᠷᠰᠢᠯᠲᠠᠨᠢ ᠬᠢᠴᠢᠶᠡᠯᠯᠡᠭᠡ ᠳᠦ ᠲᠤᠷᠰᠢᠯᠲᠠ ᠶᠢ ᠳᠡᠯᠭᠡᠨ ᠦᠵᠡᠭᠦᠯᠬᠦ᠂ ᠰᠤᠷᠤᠭᠴᠢ ᠬᠢᠴᠢᠶᠡᠯ ᠡᠴᠡ ᠡᠮᠦᠨ᠎ᠡ ᠲᠤᠷᠰᠢᠯᠲᠠ ᠶᠢᠨ ᠲᠤᠬᠠᠢ ᠤᠷᠢᠳᠴᠢᠯᠠᠨ ᠲᠠᠪᠲᠠᠬᠤ ᠪᠠ ᠬᠢᠴᠢᠶᠡᠯ ᠦᠨ ᠭᠠᠳᠠᠨᠠᠬᠢ ᠳᠠᠪᠲᠠᠯᠭ᠎ᠠ ᠳᠤ ᠵᠣᠷᠢᠭᠤᠯᠤᠭᠰᠠᠨ ᠣᠶᠤᠨᠴᠢᠯᠠᠭᠰᠠᠨ ᠵᠢᠱ᠌ᠢᠮᠡᠭ ᠲᠤᠷᠰᠢᠯᠲᠠ ᠪᠣᠯᠤᠨ᠎ᠠ᠃

     ᠨᠠᠢ᠍ᠮᠠᠨ ᠮᠤᠵᠢ ᠣᠷᠤᠨ ᠤ ᠳᠥᠷᠪᠡᠳᠦᠭᠡᠷ ᠬᠤᠭᠤᠴᠠᠭᠠᠨ ᠤ ᠮᠣᠩᠭᠤᠯ ᠨᠣᠮ ᠤᠨ ᠦᠵᠡᠭᠦᠯᠭᠡ ᠶᠢᠨ ᠬᠤᠭᠤᠴᠠᠭᠠᠨ ᠳᠤ᠂ ᠬᠠᠢᠰᠢ ᠵᠧᠦ ᠶᠢᠨ ᠳᠡᠯᠡᠬᠡᠢ ᠬᠣᠲᠠ ᠶᠢᠨ ᠦᠨᠳᠦᠰᠦᠲᠡᠨ ᠦ ᠰᠤᠷᠭᠠᠭᠤᠯᠢ᠂ ᠬᠠᠢᠰᠢ ᠵᠧᠦ ᠶᠢᠨ ᠤᠯᠠᠭᠠᠨ ᠰᠢᠶᠠᠨ ᠤ ᠮᠣᠩᠭᠤᠯ ᠦᠨᠳᠦᠰᠦᠲᠡᠨ ᠦ ᠳᠤᠮᠳᠠᠲᠤ ᠰᠤᠷᠭᠠᠭᠤᠯᠢ ᠵᠡᠷᠭᠡ ᠬᠠᠮᠢᠶ᠎ᠠ ᠪᠦᠬᠦᠢ ᠪᠠᠢᠭᠤᠯᠭ᠎ᠠ ᠨᠢᠭᠡᠴᠡ ᠨᠦ᠍ᠭᠦᠳ ᠬᠦᠷᠦᠯᠴᠡᠨ ᠢᠷᠡᠵᠦ᠂ ᠬᠠᠯᠠᠭᠤᠨ ᠠᠩᠬᠠᠷᠤᠯ ᠢᠶᠠᠨ ᠬᠠᠨᠳᠤᠭᠤᠯᠤᠭᠰᠠᠨ ᠮᠥᠷᠲᠡᠭᠡᠨ ᠥᠨᠳᠦᠷ ᠦᠨᠡᠯᠡᠯᠲᠡ ᠬᠠᠢᠷᠠᠯᠠᠭᠰᠠᠨ ᠪᠠᠢᠨ᠎ᠠ᠃

      ᠲᠤᠰ ᠤᠳᠠᠭᠠᠨ ᠤ᠋ ᠦᠵᠡᠭᠦᠯᠭᠡ ᠳ᠋ᠦ᠍ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠮᠠᠨᠢ ᠵᠥᠪᠬᠡᠨ ᠨᠠᠢ᠍ᠮᠠᠨ ᠮᠤᠵᠢ ᠣᠷᠤᠨ ᠤ᠋ ᠮᠣᠩᠭᠤᠯ ᠰᠤᠷᠬᠤ ᠪᠢᠴᠢᠭ ᠢ᠋ ᠣᠷᠴᠢᠭᠤᠯᠤᠨ ᠨᠠᠢᠷᠠᠭᠤᠯᠵᠤ᠂ ᠬᠡᠪᠯᠡᠭᠦᠯᠦᠨ ᠲᠠᠷᠬᠠᠭᠠᠵᠤ ᠪᠠᠢᠬᠤ ᠲᠡᠳᠦᠢ ᠦᠭᠡᠢ ᠪᠠᠰᠠ ᠰᠤᠷᠭᠠᠭᠤᠯᠢ ᠶ᠋ᠢᠨ ᠭᠠᠳᠠᠨᠠᠬᠢ ᠰᠣᠶᠤᠯ ᠰᠢᠨᠵᠢᠯᠡᠯ ᠳ᠋ᠦ᠍ ᠥᠪᠡᠷ ᠦ᠋ᠨ ᠢ᠋ᠶ᠋ᠠᠨ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠭᠰᠡᠨ ᠵᠢᠷᠠᠭᠠᠳ ᠵᠢᠯ ᠤ᠋ᠨ ᠴᠢᠷᠮᠠᠢᠯᠭ᠎ᠠ ᠪᠠᠨ ᠳᠠᠶᠠᠭᠠᠷ ᠲᠤ᠌ ᠮᠡᠳᠡᠭᠦᠯᠦᠯ᠎ᠡ᠂ ᠣᠨᠴᠠᠭᠠᠢᠯᠠᠨ ᠴᠠᠰᠦᠲᠦ ᠶ᠋ᠢᠨ ᠥᠨᠳᠦᠷᠯᠢᠭ ᠦ᠋ᠨ ᠥᠪᠦᠷ ᠳᠡᠬᠢ ᠦᠨᠳᠦᠰᠦ ᠤᠭᠰᠠᠭ᠎ᠠ ᠦᠭᠡ ᠬᠡᠯᠡ ᠨᠢᠭᠡᠲᠡᠢ ᠮᠣᠩᠭᠤᠯᠴᠤᠳ ᠲᠠᠢ ᠪᠠᠨ ᠤᠴᠠᠷᠠᠨ ᠵᠣᠯᠭᠠᠬᠤ ᠶ᠋ᠢᠨ ᠢᠷᠦᠭᠡᠯ ᠢ᠋ᠶ᠋ᠡᠷ ᠦᠨᠳᠦᠰᠦᠲᠡᠨ ᠦ᠌ ᠥᠪ ᠰᠣᠶᠤᠯ ᠦ᠋ᠨ ᠢᠷᠡᠬᠦ ᠮᠠᠷᠭᠠᠰᠢ ᠶ᠋ᠢᠨ ᠲᠥᠯᠦᠭᠡ ᠠᠯᠬᠤᠮ ᠢ᠋ᠶ᠋ᠠᠨ ᠨᠢᠭᠡᠳᠬᠡᠵᠤ᠂ ᠤᠭ ᠰᠠᠨᠠᠭ᠎ᠠ  ᠪᠠᠨ ᠮᠠᠷᠲᠠᠯ ᠦᠭᠡᠢ᠂ ᠤᠷᠤᠭᠰᠢᠯᠡᠨ ᠳᠡᠪᠰᠢᠬᠦ ᠪᠡᠷ ᠪᠠᠢᠭ᠎ᠠ ᠪᠠᠨ ᠵᠢᠷᠦᠬᠡ ᠰᠡᠳᠭᠢᠯ ᠢ᠋ᠶ᠋ᠡᠷ ᠢ᠋ᠶ᠋ᠡᠨ ᠮᠡᠳᠡᠯᠴᠡᠯ᠎ᠡ᠃

       ᠨᠣᠮ ᠤ᠋ᠨ ᠴᠠᠭᠠᠨ ᠪᠤᠶᠠᠨ ᠳᠡᠯᠭᠡᠷᠡᠬᠦ ᠪᠣᠯᠲᠤᠭᠠᠢ!

 

 

 

 

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠰᠤᠷᠭᠠᠨ
ᠬᠦᠮᠦᠵᠢᠯ ᠤᠨ
ᠬᠡᠪᠯᠡᠯ ᠤᠨ
ᠬᠤᠷᠢᠶ᠎ᠠ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604