《ᠦᠪᠦᠷ ᠮᠣᠩᠭᠤᠯ ᠤ᠋ᠨ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠪᠠᠢᠴᠠᠭᠠᠯᠲᠠ ᠵᠢᠨ ᠮᠠᠲ᠋ᠧᠷᠢᠶᠠᠯ ᠤ᠋ᠨ ᠴᠤᠪᠤᠷᠠᠯ》ᠭᠡᠬᠦ ᠠᠷᠪᠠᠨ ᠭᠤᠷᠪᠠᠨ ᠪᠤᠳᠢ ᠨᠣᠮ ᠬᠡᠪᠯᠡᠭᠳᠡᠯ᠎ᠡ
ᠱᠦ᠍ ᠭᠤᠸᠠᠩ 2018.09.14

ᠪᠠᠶᠠᠭᠤᠳ ᠰᠠᠩᠵᠠᠢ ᠨᠠᠢᠷᠠᠭᠤᠯᠤᠨ ᠪᠢᠴᠢᠪᠡ

 

    《ᠦᠪᠦᠷ ᠮᠣᠩᠭᠤᠯ ᠤ᠋ᠨ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠪᠠᠢᠴᠠᠭᠠᠯᠲᠠ ᠵᠢᠨ ᠮᠠᠲ᠋ᠧᠷᠢᠶᠠᠯ ᠤ᠋ᠨ ᠴᠤᠪᠤᠷᠠᠯᠭᠡᠬᠦ ᠠᠷᠪᠠᠨ ᠭᠤᠷᠪᠠᠨ ᠪᠤᠳᠢ ᠨᠣᠮ ᠨᠢ ᠦᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦᠨ ᠬᠤᠷᠢᠶᠠᠨ ᠠᠴᠠ 2018 ᠣᠨ ᠳ᠋ᠤ᠌ ᠬᠡᠪᠯᠡᠭᠳᠡᠪᠡ᠃ ᠲᠤᠰ ᠨᠣᠮ ᠢ᠋ ᠲᠤᠭᠤᠷᠪᠢᠬᠤ ᠳ᠋ᠤ᠌ ᠦᠪᠦᠷ ᠮᠣᠩᠭᠤᠯ ᠤ᠋ᠨ ᠶᠡᠬᠡ ᠰᠤᠷᠭᠠᠭᠤᠯᠢ ᠵᠢᠨ ᠮᠣᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠵᠢᠨ ᠫᠷᠣᠹᠧᠰᠰᠣᠷ ᠰᠡᠩᠬᠡ᠂ ᠫᠷᠣᠹᠧᠰᠰᠣᠷ ᠭᠤ· ᠵᠤᠷᠢᠭᠳᠤ ᠨᠠᠷ ᠶᠡᠷᠦᠩᠬᠡᠢ ᠨᠠᠢᠷᠠᠭᠤᠯᠤᠭᠴᠢ ᠪᠠᠷ ᠠᠵᠢᠯᠯᠠᠵᠤ᠂ ᠡᠷᠳᠡᠮ ᠰᠢᠨᠵᠢᠯᠡᠭᠡᠨ ᠦ᠌ ᠲᠥᠰᠦᠪ ᠦ᠋ᠨ ᠪᠠᠭ ᠲᠤ ᠰᠡᠩᠬᠡ᠂ ᠭᠤ· ᠵᠤᠷᠢᠭᠳᠤ᠂ ᠰᠡᠴᠡᠨᠪᠠᠭᠠᠲᠤᠷ᠂ ᠨᠠ᠊· ᠭᠡᠷᠡᠯᠳᠦ᠂ ᠡᠯᠡᠰᠦᠨᠴᠡᠴᠡᠭ᠂ ᠪᠠᠳᠮᠠᠠᠤᠳᠰᠠᠷ᠂ ᠴᠢᠮᠡᠭ ᠨᠡᠷ ᠤᠷᠤᠯᠴᠠᠵᠤ᠂ ᠡᠳᠡᠬᠡᠷ ᠡᠷᠳᠡᠮᠲᠡᠳ ᠳᠤᠰ ᠳᠤᠰ ᠠᠳᠠᠯᠢ ᠪᠤᠰᠤ ᠭᠠᠵᠠᠷ ᠤᠷᠤᠨ ᠤ ᠪᠤᠳᠢ ᠶᠢ ᠳᠠᠭᠠᠭᠠᠴᠢᠯᠠᠨ ᠠᠪᠴᠤ ᠵᠣᠬᠢᠶᠠᠭᠰᠠᠨ ᠪᠢᠯᠡ᠃ ᠨᠣᠮ ᠤ᠋ᠨ ᠬᠠᠷᠢᠭᠤᠴᠠᠨ ᠨᠠᠢᠷᠠᠭᠤᠯᠬᠤ ᠠᠵᠢᠯ  ᠳ᠋ᠤ᠌ ᠦᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦᠨ ᠬᠤᠷᠢᠶᠠᠨ ᠤ ᠮᠣᠩᠭᠤᠯ ᠬᠡᠯᠡ ᠪᠢᠴᠢᠭ ᠨᠠᠢᠷᠠᠭᠤᠯᠬᠤ ᠲᠠᠰᠤᠭ ᠤᠨ ᠨᠠᠢᠷᠠᠭᠤᠯᠤᠭᠴᠢᠳ ᠣᠷᠤᠯᠴᠠᠪᠠ᠃ ᠡᠳᠡᠬᠡᠷ ᠨᠣᠮ ᠤ᠋ᠨ ᠬᠡᠪᠯᠡᠭᠳᠡᠭᠰᠡᠨ ᠨᠢ ᠮᠣᠩᠭᠤᠯ ᠨᠣᠮ ᠪᠢᠴᠢᠭ ᠦᠨ ᠲᠡᠦᠬᠡᠨ ᠳ᠋ᠤ᠌ ᠪᠠᠰᠠ ᠨᠢᠭᠡᠨ ᠳᠤᠮᠤᠬᠠᠨ ᠪᠦᠲᠦᠭᠡᠯ ᠨᠡᠮᠡᠭᠳᠡᠭᠰᠡᠨ ᠢ ᠬᠡᠷᠡᠴᠢᠯᠡᠬᠦ ᠲᠡᠳᠦᠢ ᠦᠬᠡᠢ᠂ ᠮᠣᠩᠭᠤᠯ ᠬᠡᠯᠡ ᠰᠢᠨᠵᠢᠯᠡᠯ ᠦᠨ ᠲᠡᠦᠬᠡ ᠵᠢᠨ ᠬᠠᠭᠤᠳᠠᠰᠤᠨ ᠳ᠋ᠤ᠌ ᠨᠢᠭᠡᠨ ᠰᠢᠨᠡᠬᠡᠨ ᠠᠭᠤᠯᠭ᠎ᠠ ᠨᠡᠮᠡᠭᠳᠡᠭᠰᠡᠨ ᠶᠠᠪᠤᠳᠠᠯ ᠪᠤᠯᠬᠤ ᠨᠢ ᠭᠠᠷᠴᠠᠭ᠎ᠠ ᠦᠬᠡᠢ᠃

     ᠶᠡᠷᠦ ᠨᠢ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠰᠤᠳᠤᠯᠭᠠᠨ ᠢ ᠡᠷᠲᠡ ᠦᠶ᠎ᠡ ᠡᠴᠡ ᠢᠯᠠᠩᠭᠤᠶ᠎ᠠ ᠮᠣᠩᠭᠤᠯᠴᠤᠳ ᠥᠪᠡᠷ ᠦ᠋ᠨ ᠬᠡᠰᠡᠨ ᠪᠢᠴᠢᠭ ᠦᠰᠦᠭ ᠲᠡᠢ ᠪᠣᠯᠤᠭᠰᠠᠨ ᠴᠠᠭ ᠠᠴᠠ ᠡᠬᠢᠯᠡᠨ ᠠᠪᠴᠤ ᠦᠵᠡᠬᠦ ᠶᠤᠰᠤᠳᠠᠢ ᠪᠠᠢᠳᠠᠭ᠃ ᠤᠴᠢᠷ ᠨᠢ ᠶᠠᠮᠠᠷ ᠨᠢᠭᠡᠨ ᠦᠰᠦᠭ ᠪᠢᠴᠢᠭ ᠨᠢ ᠶᠠᠮᠠᠷ ᠨᠢᠭᠡᠨ ᠠᠮᠠᠨ ᠠᠶᠠᠯᠭᠤᠨ ᠳ᠋ᠤ᠌ ᠲᠤᠯᠭᠠᠭᠤᠷᠢᠯᠠᠨ ᠵᠤᠬᠢᠶᠠᠭᠳᠠᠳᠠᠭ᠃ ᠨᠤᠲᠤᠭ ᠤ᠋ᠨ ᠠᠶᠠᠯᠭᠤ ᠶᠢ ᠰᠤᠳᠤᠯᠬᠤ ᠨᠢ ᠬᠡᠯᠡᠨ ᠦ ᠬᠥᠭᠵᠢᠯ ᠦ᠋ᠨ ᠲᠡᠦᠬᠡ᠂ ᠤᠳᠤ ᠵᠢᠨ ᠪᠠᠢᠳᠠᠯ᠂ ᠬᠠᠤᠯᠢ ᠵᠦᠢ ᠲᠣᠭᠲᠠᠯ᠂ ᠢᠷᠡᠭᠡᠳᠦᠢ ᠵᠢᠨ ᠲᠥᠯᠦᠪ ᠦ᠋ᠨ ᠲᠠᠯ᠎ᠠ ᠪᠠᠷ ᠳ᠋ᠦᠩᠨᠡᠯᠲᠡ ᠬᠢᠬᠦ ᠪᠣᠯᠤᠮᠵᠢ ᠶ᠋ᠢ ᠪᠦᠷᠢᠳᠦᠭᠦᠯᠵᠦ ᠥᠭᠳᠡᠭ ᠪᠢᠯᠡ᠃ ᠬᠡᠯᠡᠨ ᠦ ᠬᠥᠭᠵᠢᠯ ᠦ᠋ᠨ ᠦᠵᠡᠭᠳᠡᠯ ᠦᠨ ᠤᠳᠠᠭᠠᠨ ᠲᠦᠷᠬᠡᠨ ᠨᠢ ᠬᠠᠷᠢᠯᠴᠠᠨ ᠠᠳᠠᠯᠢ ᠦᠬᠡᠢ ᠪᠠᠢᠳᠠᠭ ᠢ ᠨᠤᠲᠤᠭ ᠤ᠋ᠨ ᠠᠶᠠᠯᠭᠤᠨ ᠤ ᠰᠤᠳᠤᠯᠭᠠᠨ ᠠᠴᠠ ᠲᠣᠳᠤᠷᠬᠠᠢ ᠬᠠᠷᠠᠵᠤ ᠪᠣᠯᠤᠨ᠎ᠠ᠃ ᠶᠠᠭ ᠡᠢᠮᠦ ᠡᠴᠡ ᠨᠤᠲᠤᠭ ᠤ᠋ᠨ ᠠᠶᠠᠯᠭᠤᠨ ᠤ ᠳᠤᠬᠠᠢ ᠰᠤᠳᠤᠯᠭᠠᠨ ᠪᠤᠯ ᠬᠡᠯᠡ ᠰᠢᠨᠵᠢᠯᠡᠯ ᠦᠨ ᠴᠢᠬᠤᠯᠠ ᠨᠢᠭᠡᠨ ᠠᠭᠤᠯᠭ᠎ᠠ ᠪᠣᠯᠤᠨ᠎ᠠ᠃ ᠲᠡᠷᠡᠴᠢᠯᠡᠨ ᠨᠤᠲᠤᠭ ᠤ᠋ᠨ ᠠᠶᠠᠯᠭᠤᠨ ᠤ ᠰᠤᠳᠤᠯᠭᠠᠨ  ᠤ᠋ ᠪᠠᠢᠳᠠᠯ ᠢ ᠳᠤᠳᠤᠷᠬᠠᠢᠯᠠᠭᠰᠠᠨ ᠨᠤᠲᠤᠭ ᠤ᠋ᠨ ᠠᠶᠠᠯᠭᠤᠨ ᠤ ᠰᠤᠳᠤᠯᠭᠠᠨ᠂ ᠲᠡᠦᠬᠡᠨ ᠨᠤᠲᠤᠭ ᠤ᠋ᠨ ᠠᠶᠠᠯᠭᠤᠨ ᠤ ᠰᠤᠳᠤᠯᠭᠠᠨ᠂ ᠨᠤᠲᠤᠭ ᠤ᠋ᠨ ᠠᠶᠠᠯᠭᠤᠨ ᠤ ᠭᠠᠵᠠᠷ ᠵᠦᠢ ᠵᠢᠨ ᠰᠤᠳᠤᠯᠭᠠᠨ᠂ ᠨᠡᠢᠭᠡᠮ ᠦ᠋ᠨ ᠨᠤᠲᠤᠭ ᠤ᠋ᠨ ᠠᠶᠠᠯᠭᠤᠨ ᠤ ᠰᠤᠳᠤᠯᠭᠠᠨ ᠬᠡᠬᠦ ᠮᠡᠲᠦᠴᠢᠯᠡᠨ ᠤᠯᠠᠨ ᠲᠦᠷᠦᠯ ᠵᠦᠢᠯ  ᠳ᠋ᠤ᠌ ᠬᠤᠪᠢᠶᠠᠵᠤ ᠪᠤᠯᠳᠠᠭ᠃ ᠲᠡᠬᠡᠪᠡᠯ ᠨᠤᠲᠤᠭ ᠤ᠋ᠨ ᠠᠶᠠᠯᠭᠤᠨ ᠤ ᠭᠠᠵᠠᠷ ᠵᠦᠢ ᠵᠢᠨ ᠰᠤᠳᠤᠯᠭᠠᠨ ᠭᠡᠳᠡᠭ ᠢ ᠪᠠᠰᠠ ᠬᠡᠯᠡᠨ ᠦ ᠭᠠᠵᠠᠷ ᠵᠦᠢ ᠵᠢᠨ ᠰᠤᠳᠤᠯᠭᠠᠨ ᠴᠤ ᠭᠡᠳᠡᠭ᠃ ᠲᠡᠷᠡ ᠨᠢ ᠶᠠᠮᠠᠷ ᠨᠢᠭᠡᠨ ᠬᠡᠯᠡ ᠠᠶᠠᠯᠭᠤᠨ ᠤ ᠳᠣᠲᠤᠭᠠᠳᠤ ᠳ᠋ᠠᠬᠢ ᠢᠯᠭᠠᠭ᠎ᠠ ᠵᠦᠷᠢᠶ᠎ᠡ ᠪᠠ ᠲᠡᠳᠡᠬᠡᠷ ᠦᠨ ᠲᠠᠷᠬᠠᠴᠠ ᠪᠠᠢᠳᠠᠯ ᠢ ᠭᠠᠵᠠᠷ ᠵᠦᠢ ᠵᠢᠨ ᠠᠷᠭ᠎ᠠ ᠪᠠᠷ ᠢᠯᠡᠳᠭᠡᠵᠦ ᠲᠣᠳᠤᠷᠬᠠᠢᠯᠠᠳᠠᠭ ᠬᠡᠯᠡ ᠰᠢᠨᠵᠢᠯᠡᠯ ᠦᠨ ᠨᠢᠬᠡ ᠰᠠᠯᠪᠤᠷᠢ ᠤᠬᠠᠭᠠᠨ ᠪᠤᠯᠬᠤ ᠶᠤᠮ᠃ ᠨᠤᠲᠤᠭ ᠤ᠋ᠨ ᠠᠶᠠᠯᠭᠤᠨ ᠤ ᠭᠠᠵᠠᠷ ᠵᠦᠢ ᠵᠢᠨ ᠰᠤᠳᠤᠯᠭᠠᠨ ᠢ ᠶᠡᠬᠡᠪᠴᠢᠯᠡᠨ ᠳᠠᠷᠠᠭᠠᠬᠢ ᠬᠡᠳᠦᠨ ᠠᠯᠬᠤᠮ ᠵᠢᠡᠷ ᠭᠦᠢᠴᠡᠳᠭᠡᠳᠡᠭ᠂ ᠳᠠᠷᠤᠢ ᠪᠠᠢᠴᠠᠭᠠᠬᠤ ᠠᠭᠤᠯᠭ᠎ᠠ ᠪᠠᠨ ᠲᠣᠭᠲᠠᠭᠠᠵᠤ ᠪᠠᠢᠴᠠᠭᠠᠬᠤ ᠬᠥᠲᠦᠯᠪᠦᠷᠢ ᠪᠡᠨ ᠨᠠᠢᠷᠠᠭᠤᠯᠬᠤ᠂ ᠪᠠᠢᠴᠠᠭᠠᠬᠤ ᠭᠠᠵᠠᠷ ᠤᠷᠤᠨ ᠪᠠ ᠴᠡᠭ ᠢ ᠲᠣᠭᠲᠠᠭᠠᠬᠤ᠂ ᠪᠠᠢᠴᠠᠭᠠᠬᠤ ᠠᠷᠭ᠎ᠠ ᠮᠠᠶᠢᠭ ᠵᠢᠡᠨ ᠲᠣᠭᠲᠠᠭᠠᠬᠤ᠂ ᠪᠠᠢᠴᠠᠭᠠᠬᠤ ᠡᠲᠡᠭᠡᠳ ᠵᠢᠡᠨ ᠲᠣᠭᠲᠠᠭᠠᠬᠤ᠂ ᠪᠠᠢᠴᠠᠭᠠᠯᠲᠠ ᠵᠢᠨ ᠠᠵᠢᠯ ᠵᠢᠡᠨ ᠵᠣᠬᠢᠶᠠᠨ ᠪᠠᠢᠭᠤᠯᠬᠤ᠂ ᠪᠠᠢᠴᠠᠭᠠᠭᠰᠠᠨ ᠮᠠᠲ᠋ᠧᠷᠢᠶᠠᠯ ᠵᠢᠡᠨ ᠡᠮᠬᠢᠯᠡᠵᠦ ᠲᠢᠭᠯᠡᠭᠡᠳ ᠳᠠᠷᠠᠭ᠎ᠠ ᠨᠢ ᠪᠠᠢᠴᠠᠭᠠᠯᠲᠠ ᠵᠢᠨ ᠳ᠋ᠦᠩ ᠵᠢᠡᠨ ᠬᠦᠰᠦᠨᠦᠭᠲᠦ ᠪᠡᠷ ᠪᠤᠶᠤ ᠭᠠᠵᠠᠷ ᠤᠨ ᠵᠢᠷᠤᠭ ᠵᠢᠡᠷ ᠢᠯᠡᠳᠭᠡᠳᠡᠭ᠃

   ᠲᠡᠬᠡᠪᠡᠯ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠳᠤᠬᠠᠢ ᠪ· ᠷᠢᠨᠴᠢᠨ ᠨᠡᠷᠮᠣᠩᠭᠤᠯ ᠠᠷᠠᠳ ᠤᠯᠤᠰ ᠤᠨ ᠤᠭᠰᠠᠭᠠᠲᠠᠨ ᠤ᠋ ᠰᠤᠳᠤᠯᠤᠯ᠂ ᠬᠡᠯᠡᠨ ᠦ ᠰᠢᠨᠵᠢᠯᠡᠯ ᠦᠨ ᠠᠲ᠋ᠯᠠᠰ(ᠲᠡᠷᠢᠭᠦᠨ᠂ ᠲᠡᠳ᠋ ᠪᠤᠳᠢ)ᠬᠡᠮᠡᠬᠦ ᠠᠩᠬᠠᠨ ᠤ ᠪᠦᠲᠦᠭᠡᠯ ᠵᠢᠡᠨ ᠬᠡᠪᠯᠡᠭᠦᠯᠵᠦ ᠪᠠᠢᠭᠰᠠᠨ ᠪᠤᠯ ᠮᠠᠨ ᠤ ᠤᠯᠤᠰ ᠲᠤ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠵᠦᠢ ᠵᠢᠨ ᠰᠤᠳᠤᠯᠭᠠᠨ ᠨᠢ ᠲᠡᠬᠡᠷ᠎ᠡ ᠵᠠᠭᠤᠨ ᠤ ᠨᠠᠶᠠᠭᠠᠳ ᠣᠨ ᠠᠴᠠ ᠡᠬᠢᠯᠡᠭᠰᠡᠨ ᠶᠤᠮ᠃ ᠬᠣᠵᠢᠮ ᠨᠢ 1988 ᠣᠨ ᠤ ᠦᠶ᠎ᠡ ᠪᠡᠷ ᠦᠪᠦᠷ ᠮᠣᠩᠭᠤᠯ ᠤ᠋ᠨ ᠶᠡᠬᠡ ᠰᠤᠷᠭᠠᠭᠤᠯᠢ ᠵᠢᠨ ᠮᠣᠩᠭᠤᠯ ᠬᠡᠯᠡ ᠪᠢᠴᠢᠭ ᠰᠤᠳᠤᠯᠬᠤ ᠭᠠᠵᠠᠷ ᠤᠨ ᠫᠷᠣᠹᠧᠰᠰᠣᠷ ᠴᠧᠨ ᠨᠠᠢ ᠰᠢᠶᠦ᠋ᠩ ᠪᠠᠭᠰᠢ ᠭᠧᠷᠮᠠᠨ  ᠳ᠋ᠤ᠌ ᠠᠢᠯᠴᠢᠯᠠᠵᠤ ᠪᠠᠢᠬᠤ ᠬᠤᠭᠤᠴᠠᠭᠠᠨ  ᠳ᠋ᠤ᠌ ᠪᠡᠨ ᠭᠧᠷᠮᠠᠨ ᠤ ᠪᠣᠨ ᠶᠡᠬᠡ ᠰᠤᠷᠭᠠᠭᠤᠯᠢ ᠵᠢᠨ ᠫᠷᠣᠹᠧᠰᠰᠣᠷ ᠸᠧᠢᠷᠰ ᠲᠠᠢ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠰᠤᠳᠤᠯᠭᠠᠨ ᠢ ᠬᠤᠶᠠᠷ ᠤᠯᠤᠰ ᠬᠠᠮᠵᠢᠯᠴᠠᠨ ᠬᠢᠬᠦ ᠪᠡᠷ ᠲᠥᠯᠦᠪᠯᠡᠵᠦ ᠪᠠᠢᠪᠠ᠃ ᠲᠡᠬᠡᠬᠡᠳ1991 ᠣᠨ ᠳ᠋ᠤ᠌ ᠮᠠᠨ ᠤ ᠤᠯᠤᠰ ᠤᠨ ᠬᠣᠯᠪᠤᠭᠳᠠᠯ ᠪᠦᠬᠦᠢ ᠪᠠᠢᠭᠤᠯᠭ᠎ᠠ ᠵᠢᠨ ᠵᠥᠪᠰᠢᠶᠡᠷᠡᠯ ᠢ᠋ ᠤᠯᠤᠭᠠᠳ᠂ 1992 ᠣᠨ ᠤ 3 ᠰᠠᠷ᠎ᠠ ᠠᠴᠠᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭᠭᠡᠳᠡᠭ ᠰᠡᠳᠦᠪ ᠨᠢ ᠭᠧᠷᠮᠠᠨ ᠤ ᠪᠣᠨ ᠶᠡᠬᠡ ᠰᠤᠷᠭᠠᠭᠤᠯᠢ ᠵᠢᠨ ᠳᠤᠮᠳᠠᠳᠤ ᠠᠽᠢᠶ᠎ᠠ ᠵᠢᠨ ᠬᠡᠯᠡ ᠰᠣᠶᠤᠯ ᠰᠤᠳᠤᠯᠬᠤ ᠭᠠᠵᠠᠷ ᠪᠠ ᠭᠧᠷᠮᠠᠨ ᠤ ᠸᠤᠯᠺᠰᠧᠭᠧᠨ ᠮᠠᠰᠢᠨ ᠲᠡᠷᠬᠡᠨ ᠦ ᠺᠣᠮᠫᠠᠨᠢ᠂ ᠭᠧᠷᠮᠠᠨ ᠳᠤᠮᠳᠠᠳᠤ ᠵᠢᠨ ᠡᠷᠳᠡᠮ ᠰᠢᠨᠵᠢᠯᠡᠭᠡᠨ ᠦ᠌ ᠰᠣᠯᠢᠯᠴᠠᠭᠠᠨ ᠤ᠋ ᠰᠠᠭᠤᠷᠢ ᠮᠥᠩᠭᠦᠨ ᠦ᠌ ᠨᠡᠢᠭᠡᠮᠯᠢᠭ ᠦ᠋ᠨ ᠲᠡᠮᠵᠢᠯᠬᠡ ᠪᠡᠷ ᠵᠢᠩᠬᠢᠨᠢ ᠪᠡᠷ ᠡᠬᠢᠯᠡᠭᠰᠡᠨ ᠶᠤᠮ᠃ ᠳᠤᠬᠠᠢ ᠵᠢᠨ ᠦᠶ᠎ᠡ ᠳ᠋ᠤ᠌ ᠭᠧᠷᠮᠠᠨ ᠤᠯᠤᠰ ᠲᠤ ᠰᠤᠷᠤᠯᠴᠠᠵᠤ ᠪᠠᠢᠭᠰᠠᠨ ᠴᠢᠮᠡᠳᠳᠣᠷᠵᠢ ᠭᠤᠧᠠᠢ᠂ ᠬᠤᠶᠠᠷ ᠤᠯᠤᠰ ᠤᠨ ᠬᠠᠮᠵᠢᠯᠴᠠᠭᠠᠨ ᠤ ᠠᠵᠢᠯ ᠢ ᠵᠣᠬᠢᠴᠠᠭᠤᠯᠬᠤ ᠲᠠᠯ᠎ᠠ ᠪᠠᠷ ᠮᠠᠰᠢ ᠤᠯᠠᠨ ᠠᠵᠢᠯ ᠬᠢᠭᠰᠡᠨ ᠢ ᠴᠦ ᠪᠢᠳᠡ ᠳᠤᠷᠠᠳᠬᠤ ᠦᠬᠡᠢ ᠪᠠᠢᠬᠤ ᠵᠢᠨ ᠠᠷᠭ᠎ᠠ ᠦᠬᠡᠢ ᠶᠤᠮ᠃  ᠶᠠᠭ ᠡᠢᠮᠦᠷᠬᠦᠦ ᠪᠠᠢᠳᠠᠯ ᠵᠢᠡᠷ ᠦᠪᠦᠷ ᠮᠣᠩᠭᠤᠯ ᠤ᠋ᠨ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠪᠠᠢᠴᠠᠭᠠᠯᠲᠠ ᠵᠢᠨ ᠮᠠᠲ᠋ᠧᠷᠢᠶᠠᠯ ᠤ᠋ᠨ ᠴᠤᠪᠤᠷᠠᠯ ᠤ᠋ᠨ ᠰᠤᠳᠤᠯᠭᠠᠨ ᠤ ᠠᠵᠢᠯ ᠡᠬᠢᠯᠡᠵᠦ᠂ ᠲᠦᠯᠦᠪᠰᠢᠵᠤ ᠢᠷᠡᠭᠰᠡᠨ ᠲᠡᠦᠬᠡ ᠲᠡᠢ ᠶᠤᠮ᠃ ᠡᠳᠡᠬᠡᠷ ᠬᠤᠭᠤᠴᠠᠭᠠᠨ ᠳ᠋ᠤ᠌ ᠮᠠᠰᠢ ᠤᠯᠠᠨ ᠬᠥᠮᠦᠰ ᠦ᠋ᠨ ᠢᠲᠡᠭᠡᠯ ᠰᠡᠳᠭᠢᠯ ᠦ᠋ᠨ ᠲᠡᠮᠵᠢᠯᠬᠡ᠂ ᠠᠵᠤ ᠠᠬᠤᠢ ᠵᠢᠨ ᠲᠡᠮᠵᠢᠯᠬᠡ ᠶᠢ ᠬᠦᠯᠢᠶᠡᠵᠤ ᠪᠠᠢᠭᠰᠠᠨ ᠵᠢᠡᠨ ᠴᠦ ᠨᠢᠭᠤᠯ ᠦᠬᠡᠢ ᠶᠠᠷᠢᠬᠤ ᠶᠤᠰᠤᠳᠠᠢ᠃ ᠤᠯᠠᠨ ᠤ ᠬᠦᠴᠦᠨ ᠳ᠋ᠤ᠌ ᠤᠪᠤᠭ᠎ᠠ ᠪᠣᠰᠤᠨ᠎ᠠ ᠭᠡᠳᠡᠭᠴᠢᠯᠡᠨᠦᠪᠦᠷ ᠮᠣᠩᠭᠤᠯ ᠤ᠋ᠨ ᠮᠣᠩᠭᠤᠯ ᠬᠡᠯᠡᠨ ᠦ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠪᠠᠢᠴᠠᠭᠠᠯᠲᠠ ᠵᠢᠨ ᠮᠠᠲ᠋ᠧᠷᠢᠶᠠᠯ ᠤ᠋ᠨ ᠴᠤᠪᠤᠷᠠᠯᠭᠡᠬᠦ ᠴᠤᠪᠤᠷᠠᠯ ᠨᠣᠮ ᠨᠢ ᠤᠳᠤ ᠠᠷᠪᠠᠨ ᠭᠤᠷᠪᠠᠨ ᠪᠤᠳᠢ ᠪᠣᠯᠤᠨ ᠬᠡᠪᠯᠡᠭᠳᠡᠵᠦ ᠪᠠᠢᠭ᠎ᠠ ᠨᠢ ᠡᠨᠡ ᠪᠢᠯᠡ᠃ ᠳᠠᠷᠤᠢᠶᠡᠷᠦᠩᠬᠡᠢ ᠥᠭᠦᠯᠡᠯ ᠦ᠋ᠨ ᠪᠤᠳᠢᠠᠯᠠᠱᠠ ᠠᠢᠮᠠᠭ ᠤᠨ ᠪᠤᠳᠢᠪᠠᠶᠠᠨᠨᠠᠭᠤᠷ ᠬᠤᠳᠠ ᠵᠢᠨ ᠪᠤᠳᠢᠣᠷᠳᠤᠰ ᠬᠤᠳᠠ ᠵᠢᠨ ᠪᠤᠳᠢᠤᠯᠠᠭᠠᠨᠴᠠᠪ᠂ ᠪᠤᠭᠤᠳᠤ ᠬᠤᠳᠠ ᠵᠢᠨ ᠪᠤᠳᠢᠰᠢᠯᠢ ᠵᠢᠨ ᠭᠣᠣᠯ ᠠᠢᠮᠠᠭ ᠤᠨ ᠰᠥᠨᠢᠳ ᠦ᠋ᠨ ᠪᠤᠳᠢᠰᠢᠯᠢ ᠵᠢᠨ ᠭᠣᠣᠯ ᠠᠢᠮᠠᠭ ᠤᠨ ᠴᠠᠬᠠᠷ ᠤᠨ ᠪᠤᠳᠢᠰᠢᠯᠢ ᠵᠢᠨ ᠭᠣᠣᠯ ᠠᠢᠮᠠᠭ ᠤᠨ ᠠᠪᠠᠭ᠎ᠠ ᠬᠤᠰᠢᠭᠤ᠂ ᠰᠢᠯᠢ ᠵᠢᠨ ᠬᠤᠳᠠ ᠵᠢᠨ ᠪᠤᠳᠢᠰᠢᠯᠢ ᠵᠢᠨ ᠭᠣᠣᠯ ᠠᠢᠮᠠᠭ ᠤᠨ ᠦᠵᠦᠮᠦᠴᠢᠨ ᠦ ᠪᠤᠳᠢᠤᠯᠠᠭᠠᠨᠬᠠᠳᠠ ᠬᠤᠳᠠ ᠵᠢᠨ ᠪᠤᠳᠢᠬᠢᠩᠭᠠᠨ ᠠᠢᠮᠠᠭ ᠤᠨ ᠪᠤᠳᠢᠬᠦᠯᠦᠨ ᠪᠤᠢᠷ ᠠᠢᠮᠠᠭ( ᠬᠦᠯᠦᠨ ᠪᠤᠢᠷ ᠬᠤᠳᠠ ᠦᠨ ᠪᠤᠳᠢᠵᠡᠷᠭᠡ ᠠᠷᠪᠠᠨ ᠭᠤᠷᠪᠠᠨ ᠪᠤᠳᠢ ᠪᠣᠯᠤᠨ᠎ᠠ᠃ ᠪᠤᠳᠢ ᠪᠦᠷᠢ ᠨᠢ ᠡᠮᠦᠨᠡᠬᠢ ᠦᠬᠡ᠂ ᠲᠠᠩ ᠦᠬᠡ ᠵᠢᠨ ᠪᠠᠢᠴᠠᠭᠠᠯᠲᠠ ᠵᠢᠨ ᠮᠠᠲ᠋ᠧᠷᠢᠶᠠᠯ᠂ ᠬᠡᠯᠡ ᠵᠦᠢ ᠵᠢᠨ ᠪᠠᠢᠴᠠᠭᠠᠯᠲᠠ ᠵᠢᠨ ᠮᠠᠲ᠋ᠧᠷᠢᠶᠠᠯ᠂ ᠪᠡᠶ᠎ᠡ ᠵᠢᠨ ᠲᠦᠯᠦᠬᠡᠨ ᠦ ᠨᠡᠷ᠎ᠡ ᠪᠠ ᠵᠢᠭᠠᠬᠤ ᠲᠦᠯᠦᠬᠡᠨ ᠦ ᠨᠡᠷ᠎ᠡ ᠵᠢᠨ ᠪᠠᠢᠴᠠᠭᠠᠯᠲᠠ ᠵᠢᠨ ᠮᠠᠲ᠋ᠧᠷᠢᠶᠠᠯ᠂ ᠨᠤᠲᠤᠭ ᠤ᠋ᠨ ᠠᠶᠠᠯᠭᠤᠨ ᠤ ᠭᠠᠵᠠᠷ ᠤᠨ ᠵᠢᠷᠤᠭ ᠤᠨ ᠰᠤᠩᠭᠤᠮᠠᠯ ᠵᠡᠷᠭᠡ ᠠᠭᠤᠯᠭ᠎ᠠ ᠪᠠᠷ ᠪᠦᠷᠢᠯᠳᠦᠳᠡᠭ᠃

        ᠮᠣᠩᠭᠤᠯ ᠨᠣᠮ ᠤ᠋ᠨ ᠣᠪᠤᠭᠠᠨ ᠳ᠋ᠤ᠌ ᠨᠡᠮᠡᠭᠰᠡᠨ ᠠᠷᠪᠠᠨ ᠭᠤᠷᠪᠠᠨ ᠴᠢᠯᠠᠭᠤ ᠪᠢᠯᠡ ᠡᠨᠡ ᠨᠣᠮ

       ᠮᠣᠩᠭᠤᠯ ᠬᠡᠯᠡᠨ ᠦ ᠲᠡᠦᠬᠡᠨ ᠳ᠋ᠤ᠌ ᠨᠡᠮᠡᠭᠰᠡᠨ ᠠᠷᠪᠠᠨ ᠭᠤᠷᠪᠠᠨ ᠬᠠᠭᠤᠳᠠᠰᠤ ᠪᠢᠯᠡ ᠡᠨᠡ ᠨᠣᠮ

       ᠮᠣᠩᠭᠤᠯ ᠰᠣᠶᠤᠯ ᠤ᠋ᠨ ᠲᠤᠯᠭᠠᠨ  ᠳ᠋ᠤ᠌ ᠨᠡᠮᠡᠭᠰᠡᠨ ᠠᠷᠪᠠᠨ ᠭᠤᠷᠪᠠᠨ ᠴᠤᠴᠠᠯᠢ ᠪᠢᠯᠡ ᠡᠨᠡ ᠨᠣᠮ

       ᠮᠣᠩᠭᠤᠯ ᠲᠦᠮᠡᠨ ᠦ ᠤᠬᠠᠭᠠᠨ ᠳ᠋ᠤ᠌ ᠨᠡᠮᠡᠭᠰᠡᠨ ᠠᠷᠪᠠᠨ ᠭᠤᠷᠪᠠᠨ ᠬᠡᠷᠡᠯ ᠪᠢᠯᠡ ᠡᠨᠡ ᠨᠣᠮ᠃

       ᠨᠣᠮ ᠤ᠋ᠨ ᠴᠠᠭᠠᠨ ᠪᠤᠶᠠᠨ ᠳᠡᠯᠭᠡᠷᠡᠬᠦ ᠪᠣᠯᠲᠤᠭᠠᠢ᠃  ᠨᠣᠮ ᠤ᠋ᠨ ᠶᠡᠬᠡ ᠦᠢᠯᠡᠰ ᠲᠡᠭᠵᠢᠷᠡᠬᠦ ᠪᠣᠯᠲᠤᠭᠠᠢ᠃

 

 

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠰᠤᠷᠭᠠᠨ
ᠬᠦᠮᠦᠵᠢᠯ ᠤᠨ
ᠬᠡᠪᠯᠡᠯ ᠤᠨ
ᠬᠤᠷᠢᠶ᠎ᠠ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604